ᠸᠢᠳᠧᠣ᠋ ᠮᠡᠳᠡᢉᠡ

ᠰᠤᠷᠭᠠᠯᠲᠠ᠂ ᠰᠤᠳᠤᠯᠭᠠᠨ ᠤ᠋ ᢈᠦᠷᠢᠶᠡᠯᠡᠨ᠂ ᠪᠨᠲᠤ- ᠶ᠋ᠢᠨ ᠬᠠᠤᠯᠢ ᠵᠦᠢ ᠶ᠋ᠢᠨ ᠠᠻᠠᠳᠧᠮᠢ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠪᠠᠶᠢᠭᠤᠯᠤᠯ᠎ᠠ

ᠰᠤᠷᠭᠠᠯᠲᠠ᠂ ᠰᠤᠳᠤᠯᠭᠠᠨ ᠤ᠋ ᢈᠦᠷᠢᠶᠡᠯᠡᠨ᠂ ᠪᠨᠲᠤ- ᠶ᠋ᠢᠨ ᠬᠠᠤᠯᠢ ᠵᠦᠢ ᠶ᠋ᠢᠨ ᠠᠻᠠᠳᠧᠮᠢ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠪᠠᠶᠢᠭᠤᠯᠤᠯ᠎ᠠ

ᠮᠣᠩᠭᠣᠯ ᠤᠯᠤᠰ ᠤ᠋ᠨ ᠫᠷᠣᠻᠦ᠋ᠷᠣᠷ ᠤ᠋ᠨ ᠪᠠᠶᠢᠭᠤᠯᠤᠯᠭ᠎ᠠ ᠶ᠋ᠢᠨ ᠲᠥᠯᠥᢉᠡᠯᠡᠯ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠬᠠᠤᠯᠢ ᠵᠦᠢ ᠶ᠋ᠢᠨ ᠠᠻᠠᠳᠧᠮᠢ ᠶ᠋ᠢᠨ ᠦᠢᠯᠡ ᠠᠵᠢᠯᠯᠠᠭ᠎ᠠ ᠲᠠᠢ ᠲᠠᠨᠢᠯᠴᠠᠯᠠᠭ᠎ᠠ᠃ ᠲᠠᠨᠢᠯᠴᠠᠬᠤ ᠠᠵᠢᠯᠯᠠᠭᠠᠨ ᠤ᠋ ᠦᠶ᠎ᠡ ᠪᠡᠷ ᠲᠦᠷᠻ ᠤᠯᠤᠰ ᠤ᠋ᠨ ᠬᠠᠤᠯᠢ ᠵᠦᠢ ᠶ᠋ᠢᠨ ᠠᠻᠠᠳᠧᠮᠢ ᠶ᠋ᠢᠨ ᠶᠡᠷᠦᠩᢈᠡᠢᠯᠡᢉᠴᠢ ᠮᠧᠲᠢᠨ ᠢᠯᠳᠢᠷᠢᠮ ᠲᠡᠢ ᠠᠭᠤᠯᠵᠠᠵᠤ᠂ ᠮᠣᠩᠭᠣᠯ ᠤᠯᠤᠰ ᠤ᠋ᠨ ᠶᠡᠷᠦᠩᢈᠡᠢ ᠫᠷᠣᠻᠦ᠋ᠷᠣᠷ ᠤ᠋ᠨ ᠭᠠᠵᠠᠷ ᠤ᠋ᠨ ᠳᠡᠷᢉᠡᠳᠡᢈᠢ ᠰᠤᠷᠭᠠᠯᠲᠠ᠂ ᠰᠤᠳᠤᠯᠭᠠᠨ ᠤ᠋ ᢈᠦᠷᠢᠶᠡᠯᠡᠨ ᠪᠣᠯᠣᠨ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠬᠠᠤᠯᠢ ᠵᠦᠢ ᠶ᠋ᠢᠨ ᠠᠻᠠᠳᠧᠮᠢ ᠬᠣᠭᠣᠷᠣᠨᠳᠤ “ᠬᠠᠷᠢᠯᠴᠠᠨ ᠣᠶᠢᠯᠭᠠᠯᠴᠠᠯ ᠤ᠋ᠨ ᠰᠠᠨᠠᠮᠵᠢ ᠪᠢᠴᠢᢉ”- ᠲᠦ ᠭᠠᠷ ᠤ᠋ᠨ ᠦᠰᠦᢉ ᠵᠢᠷᠤᠪᠠ᠃

ᠡᠨᠡᢈᠦ ᠰᠠᠨᠠᠮᠵᠢ ᠪᠢᠴᠢᢉ ᠨᠢ ᠬᠣᠶᠠᠷ ᠤᠯᠤᠰ ᠤ᠋ᠨ ᠫᠷᠣᠻᠦ᠋ᠷᠣᠷ ᠤ᠋ᠨ ᠪᠠᠶᠢᠭᠤᠯᠤᠯᠭ᠎ᠠ ᠶ᠋ᠢᠨ ᠫᠷᠣᠻᠦ᠋ᠷᠣᠷ᠂ ᠫᠷᠣᠻᠦ᠋ᠷᠣᠷ ᠤ᠋ᠨ ᠲᠤᠰᠠᠯᠠᠬᠤ ᠠᠵᠢᠯᠲᠠᠨ ᠤ᠋ᠳ ᠤ᠋ᠨ ᠮᠡᠷᢉᠡᠰᠢᠯ ᠦ᠋ᠨ ᠤᠷ ᠴᠢᠳᠠᠪᠤᠷᠢ ᠶ᠋ᠢ ᠳᠡᢉᠡᠰᠢᠯᠡᢉᠦᠯᢈᠦ᠂ ᠬᠠᠮᠲᠤᠷᠠᠭᠰᠠᠨ ᠰᠤᠷᠭᠠᠯᠲᠠ ᠵᠣᢈᠢᠶᠠᠨ ᠪᠠᠶᠢᠭᠤᠯᠬᠤ᠂ ᠬᠠᠷᠢᠯᠴᠠᠨ ᠮᠡᠳᠡᢉᠡᠯᠡᠯ᠂ ᠲᠤᠷᠰᠢᠯᠭ᠎ᠠ ᠰᠣᠯᠢᠯᠴᠠᠬᠤ ᠴᠢᢉᠯᠡᠯ ᠢ᠋ᠶᠡᠷ ᠣᠯᠠᠨ ᠲᠠᠯᠠᠲᠤ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᢈᠦ ᠳ᠋ᠦ ᠴᠢᢉᠯᠡᢈᠦ ᠶᠤᠮ᠃

ᠮᠣᠩᠭᠣᠯ ᠤᠯᠤᠰ ᠤ᠋ᠨ ᠫᠷᠣᠻᠦ᠋ᠷᠣᠷ ᠤ᠋ᠨ ᠪᠠᠶᠢᠭᠤᠯᠤᠯᠭ᠎ᠠ ᠶ᠋ᠢᠨ ᠲᠥᠯᠥᢉᠡᠯᠡᠯ ᠲᠦᠷᠻ ᠤᠯᠤᠰ ᠤ᠋ᠨ ᠶᠡᠷᠦᠩᢈᠡᠢ ᠫᠷᠣᠻᠦ᠋ᠷᠣᠷ ᠤ᠋ᠨ ᠭᠠᠵᠠᠷ᠂ ᠰᠢᢉᠦᢉᠴᠢ᠂ ᠫᠷᠣᠻᠦ᠋ᠷᠣᠷ ᠤ᠋ᠨ ᠵᠥᠪᠯᠡᠯ᠂ ᠠᠨᠻᠠᠷᠠ ᠬᠣᠲᠠ ᠶ᠋ᠢᠨ ᠪᠠᠷᠠᠭᠤᠨ ᢈᠡᠰᠡᢉ ᠦ᠋ᠨ ᠰᠢᢉᠦᢈᠦ ᠵᠡᠷᢉᠡ ᠪᠠᠶᠢᠭᠤᠯᠤᠯᠭ᠎ᠠ ᠨᠤᠭᠤᠳ ᠲᠤ ᠵᠣᠴᠢᠯᠠᠵᠤ᠂ ᠬᠠᠮᠲᠤ ᠶ᠋ᠢᠨ ᠠᠵᠢᠯᠯᠠᠭᠠᠨ ᠤ᠋ ᠲᠠᠯ᠎ᠠ ᠪᠠᠷ ᠰᠠᠨᠠᠯ ᠰᠣᠯᠢᠯᠴᠠᠭᠰᠠᠨ ᠪᠠᠶᠢᠨ᠎ᠠ᠃

ᠮᠡᠳᠡᢉᠡ ᠶ᠋ᠢ ᠬᠤᠪᠢᠶᠠᠯᠴᠠᠬᠤ:
ᠬᠣᠯᠪᠣᠭᠣᠰᠤ ᠬᠠᠭᠤᠯᠤᠭᠳᠠᠯᠠᠭ᠎ᠠ